ᠵᠠᢈᠢᠷᠭ᠎ᠠ ᠤᠳᠤᠷᠢᠳᠤᠯᠭ᠎ᠠ ᠶ᠋ᠢᠨ ᢈᠡᠯᠲᠡᠰ

ᠵᠠᢈᠢᠷᠭ᠎ᠠ᠂ ᠤᠳᠤᠷᠢᠳᠤᠯᠭ᠎ᠠ ᠶ᠋ᠢᠨ ᢈᠡᠯᠲᠡᠰ ᠨᠢ ᢉᠦᠶᠢᠴᠡᠳᢈᠡᢈᠦ ᠵᠠᢈᠢᠷᠤᠯ ᠤ᠋ᠨ ᠰᠢᠭᠤᠳ ᠤᠳᠤᠷᠢᠳᠤᠯᠭ᠎ᠠ ᠳ᠋ᠤ ᠬᠠᠷᠢᠶᠠᠯᠠᠭᠳᠠᠳᠠᠭ ᠪᠥᢉᠡᠳ ᠻᠣᠮᠫᠠᠨᠢ ᠶ᠋ᠢᠨ ᠦᠶᠢᠯᠡ ᠠᠵᠢᠯᠯᠠᠭᠠᠨ ᠤ᠋ ᠰᠲ᠋ᠷᠠᠲ᠋ᠧᢉᠢ ᠵᠣᠷᠢᠯᠲᠠ ᠶ᠋ᠢᠨ ᢈᠦᠷᠢᠶᠡᠨ ᠳ᠋ᠦ ᠤᠳᠤᠷᠢᠳᠤᠯᠭ᠎ᠠ ᠶ᠋ᠢᠨ ᠮᠠᠩᠯᠠᠶᠢᠯᠠᠯ ᠢ᠋ ᠬᠠᠩᠭᠠᠬᠤ᠂ᢈᠦᠮᠦᠨ ᠦ᠋ ᠨᠥᢉᠡᠴᠡ ᠶ᠋ᠢᠨ ᠪᠣᠳᠤᠯᠭ᠎ᠠ ᠪᠣᠯᠪᠠᠰᠤᠷᠠᠭᠤᠯᠬᠤ᠂ ᠪᠦᠲᠦᠴᠡ᠂ ᠴᠠᠯᠢᠩ ᢈᠥᠯᠦᠰᠦᠨ ᠦ᠋ ᠪᠦᠳᠦᢉᠦᠪᠴᠢ ᠶ᠋ᠢ ᠪᠣᠯᠪᠠᠰᠤᠷᠠᠩᠭᠤᠢ ᠪᠣᠯᠭᠠᠬᠤ᠂ᢈᠥᠳᠡᠯᠮᠦᠷᠢ ᠶ᠋ᠢᠨ ᠬᠠᠷᠢᠯᠴᠠᠭ᠎ᠠ ᠶ᠋ᠢ ᠪᠠᠲᠤᠯᠠᠭᠠᠵᠢᠭᠤᠯᠬᠤ᠂ ᠠᠵᠢᠯᠲᠠᠨ ᠨᠤᠭᠤᠳ ᠤ᠋ᠨ ᠮᠡᠷᢉᠡᠵᠢᠯ᠂ᠮᠡᠷᢉᠡᠰᠢᠯ ᠢ᠋ ᠳᠡᢉᠡᢉᠰᠢᠯᠡᢉᠦᠯᢈᠦ᠂ ᠰᠤᠷᠭᠠᠬᠤ᠂ ᠠᠵᠢᠯᠲᠠᠨ ᠨᠤᠭᠤᠳ ᠤ᠋ᠨ ᠡᠷᠡᢉᠦᠯ ᠮᠡᠨᠳᠦ᠂ᠨᠡᠶᠢᢉᠡᠮ ᠦ᠋ᠨ ᠠᠰᠠᠭᠤᠳᠠᠯ ᠢ᠋ ᠲᠥᠯᠦᠪᠯᠡᢈᠦ᠂ ᠰᠢᠢᠳᠪᠦᠷᠢᠯᠡᢈᠦ᠂ ᠬᠠᠤᠯᠢ ᠲᠣᠭᠲᠠᠭᠠᠮᠵᠢ ᠶ᠋ᠢ ᢈᠡᠷᠡᢉᠵᠢᢉᠦᠯᢈᠦ᠂ᢈᠥᠳᠡᠯᠮᠦᠷᠢ ᠶ᠋ᠢᠨ ᠰᠠᢈᠢᠯᠭ᠎ᠠ ᠶ᠋ᠢᠨ ᠠᠰᠠᠭᠤᠳᠠᠯ ᠢ᠋ ᠰᠢᠢᠳᠪᠦᠷᠢᠯᠡᢈᠦ᠂ ᠻᠣᠮᠫᠠᠨᠢ ᠶ᠋ᠢᠨ ᠮᠡᠳᠡᢉᠡᠯᠡᠯ ᠰᠤᠷᠲᠠᠯᠴᠢᠯᠠᠭᠠᠨ ᠤ᠋ ᠠᠵᠢᠯ ᠢ᠋ ᠵᠣᢈᠢᠶᠠᠨ ᠪᠠᠶᠢᠭᠤᠯᠬᠤ᠂ᠠᠯᠪᠠᠨ ᠪᠢᠴᠢᢉ ᢈᠡᠷᠡᢉ ᠦ᠋ᠨ ᢈᠡᠷᠡᢉᠵᠢᠯᠲᠡ ᠶ᠋ᠢ ᠬᠠᠩᠭᠠᠭᠤᠯᠬᠤ᠂ ᠪᠠᠶᠢᠭᠤᠯᠤᠯᠭ᠎ᠠ ᠶ᠋ᠢᠨ ᠡᠷᠡᢉᠦᠯ ᠠᠬᠤᠢ ᠶ᠋ᠢᠨ ᠰᠣᠶᠤᠯ ᠢ᠋ ᠳᠡᢉᠡᢉᠰᠢᠯᠡᢉᠦᠯᢈᠦ ᠵᠡᠷᢉᠡ ᠦᠨᠳᠦᠰᠦᠨ ᠴᠢᢉ ᠡᢉᠦᠷᢉᠡ ᠪᠦᢈᠦᠢ ᠤᠳᠤᠷᠢᠳᠤᠯᠭ᠎ᠠ᠂ ᠵᠣᢈᠢᠶᠠᠨ ᠪᠠᠶᠢᠭᠤᠯᠤᠯᠲᠠ ᠶ᠋ᠢᠨ ᠦᠨᠳᠦᠰᠦᠨ ᠨᠢᢉᠡᠴᠡ ᠶᠤᠮ᠃ᠲᠤᠰ ᢈᠡᠯᠲᠡᠰ ᠨᠢ ᢈᠡᠯᠲᠡᠰ ᠦ᠋ᠨ ᠳᠠᠷᠤᠭ᠎ᠠ᠂ ᢈᠦᠮᠦᠨ ᠦ᠋ ᠨᠥᢉᠡᠴᠡ᠂ ᠳᠣᠲᠤᠭᠠᠳᠤ ᠠᠵᠢᠯ ᠬᠠᠷᠢᠭᠤᠴᠠᠭᠰᠠᠨ ᠠᠬᠠᠯᠠᠬᠤ ᠮᠡᠷᢉᠡᠵᠢᠯᠲᠡᠨ᠂ᠰᠤᠷᠭᠠᠯᠲᠠ ᠶ᠋ᠢᠨ ᠢᠨ᠋ᠵᠧᠨᠧᠷ᠂ ᠬᠠᠤᠯᠢ ᠶ᠋ᠢᠨ ᠵᠥᠪᠯᠡᢈᠦ᠂ ᠮᠠᠷᠻᠧᠲ᠋ᠢᠩ ᠤ᠋ᠨ ᠮᠡᠷᢉᠡᠵᠢᠯᠲᠡᠨ᠂ ᠠᠷᢈᠢᠸ ᠤ᠋ᠨ ᠮᠡᠷᢉᠡᠵᠢᠯᠲᠡᠨ᠂ ᠡᠷᠡᢉᠦᠯ ᠠᠬᠤᠶᠢᠴᠢ᠆ᠪᠠᠭ᠎ᠠ ᠡᠮᠴᠢ᠂ ᠵᠠᢈᠢᠷᠤᠯ ᠤ᠋ᠨ ᠲᠤᠰᠠᠯᠠᠬᠤ᠂ ᠨᠠᠷᠢᠨ ᠪᠢᠴᠢᢉ᠂ ᠦᠶᠢᠯᠡᠴᠢᠯᠡᢉᠴᠢ ᢉᠡᠰᠡᠨ ᠣᠷᠤᠨ ᠲᠣᠭ᠎ᠠ ᠲᠠᠢ ᠪᠠᠷ ᠑᠐ ᢈᠦᠮᠦᠨ ᠦ᠋ ᠪᠦᠷᠢᠯᠳᠦᢈᠦᠨ ᠲᠡᠢ ᠪᠣᠯᠤᠨ᠎ᠠ᠃ᠵᠠᢈᠢᠷᠭ᠎ᠠ ᠤᠳᠤᠷᠢᠳᠤᠯᠭ᠎ᠠ ᠶ᠋ᠢᠨ ᢈᠡᠯᠲᠡᠰ ᠨᠢ ᠦᠶᠢᠯᠡ ᠠᠵᠢᠯᠯᠠᠭᠠᠨ ᠳ᠋ᠤ ᠪᠠᠨ ᠮᠣᠩᠭᠣᠯ ᠤᠯᠤᠰ ᠤ᠋ᠨ ᠬᠠᠤᠯᠢ᠂ᠲᠣᠭᠲᠠᠭᠠᠮᠵᠢ ᠨᠤᠭᠤᠳ᠂ ᠻᠣᠮᠫᠠᠨᠢ ᠶ᠋ᠢᠨ ᠳᠦᠷᠢᠮ᠂ ᢈᠥᠳᠡᠯᠮᠦᠷᠢ ᠶ᠋ᠢᠨ ᠳᠣᠲᠤᠭᠠᠳᠤ ᠵᠢᠷᠤᠮ᠂ᠵᠠᢈᠢᠷᠭ᠎ᠠ ᠤᠳᠤᠷᠢᠳᠤᠯᠭ᠎ᠠ ᠶ᠋ᠢᠨ ᢈᠡᠯᠲᠡᠰ ᠦ᠋ᠨ ᠳᠦᠷᠢᠮ᠂ ᠬᠠᠮᠲᠤ ᠶ᠋ᠢᠨ ᢉᠡᠷ᠎ᠡ ᠪᠣᠯᠤᠨ ᠤᠳᠤᠷᠢᠳᠬᠤ ᠳᠡᢉᠡᠳᠦ ᠭᠠᠵᠠᠷ ᠠ᠋ᠴᠠ ᠢᠷᠡᢉᠰᠡᠨ ᠬᠠᠤᠯᠢ ᠡᠷᢈᠡ ᠵᠦᠢ ᠶ᠋ᠢᠨ ᠪᠠᠷᠢᠮᠲᠠ ᠪᠢᠴᠢᢉ ᠦ᠋ᠳ ᠢ᠋ ᠤᠳᠤᠷᠢᠳᠤᠯᠭ᠎ᠠ ᠪᠣᠯᠭᠠᠨ ᢈᠡᠷᠡᢉᠵᠢᢉᠦᠯᠵᠦ ᠠᠵᠢᠯᠯᠠᠳᠠᠭ᠃ᠦᠨᠳᠦᠰᠦᠨ ᠴᠢᢉ ᠡᢉᠦᠷᢉᠡ:

ᠻᠣᠮᠫᠠᠨᠢ ᠶ᠋ᠢᠨ ᠪᠦᠲᠦᠴᠡ᠂ ᠣᠷᠤᠨ ᠲᠣᠭ᠎ᠠ᠂ ᢈᠦᠮᠦᠨ ᠦ᠋ ᠨᠥᢉᠡᠴᠡ ᠶ᠋ᠢᠨ ᠪᠣᠳᠤᠯᠭ᠎ᠠ ᠪᠣᠯᠪᠠᠰᠤᠷᠠᠭᠤᠯᠬᠤ᠂ᠠᠵᠢᠯᠲᠠᠨ ᠨᠤᠭᠤᠳ ᠢ᠋ ᠰᠤᠷᠭᠠᠬᠤ᠂ ᠳᠠᠳᠤᠯᠭᠠᠵᠢᠭᠤᠯᠬᠤ
ᠠᠵᠢᠯᠲᠠᠨ ᠨᠤᠭᠤᠳ ᠤ᠋ᠨ ᠡᠷᠡᢉᠦᠯ ᠮᠡᠨᠳᠦ᠂ᠨᠡᠶᠢᢉᠡᠮ ᠦ᠋ᠨ ᠠᠰᠠᠭᠤᠳᠠᠯ ᠢ᠋ ᠰᠢᠢᠳᠪᠦᠷᠢᠯᠡᢈᠦ᠂ ᠬᠠᠤᠯᠢ ᠲᠣᠭᠲᠠᠭᠠᠮᠵᠢ ᠶ᠋ᠢᠨ ᢈᠡᠷᠡᢉᠵᠢᠯᠲᠡ ᠶ᠋ᠢ ᠬᠠᠩᠭᠠᠭᠤᠯᠬᠤ᠂ᠻᠣᠮᠫᠠᠨᠢ ᠶ᠋ᠢᠨ ᠮᠡᠳᠡᢉᠡᠯᠡᠯ ᠰᠤᠷᠲᠠᠯᠴᠢᠯᠠᠭᠠᠨ ᠤ᠋ ᠠᠵᠢᠯ ᠢ᠋ ᠵᠣᢈᠢᠶᠠᠨ ᠪᠠᠶᠢᠭᠤᠯᠬᠤ᠂ᠪᠠᠶᠢᠭᠤᠯᠤᠯᠭ᠎ᠠ ᠶ᠋ᠢᠨ ᠡᠷᠡᢉᠦᠯ ᠠᠬᠤᠢ ᠶ᠋ᠢᠨ ᠰᠣᠶᠤᠯ ᠢ᠋ ᠳᠡᢉᠡᢉᠰᠢᠯᠡᢉᠦᠯᢈᠦ᠂ ᢈᠥᠳᠡᠯᠮᠦᠷᠢ ᠶ᠋ᠢᠨ ᠪᠣᠯᠤᠨ ᠨᠡᠶᠢᢉᠡᠮ ᠦ᠋ᠨ ᠬᠠᠷᠢᠯᠴᠠᠭᠠᠨ ᠤ᠋ ᠪᠦᢈᠦᠢ ᠯᠡ ᠠᠰᠠᠭᠤᠳᠠᠯ ᠢ᠋ ᠬᠠᠤᠯᠢ ᠶ᠋ᠢᠨ ᢈᠦᠷᠢᠶᠡᠨ ᠳ᠋ᠦ ᠰᠢᠢᠳᠪᠦᠷᠢᠯᠡᢈᠦ
ᠬᠠᠤᠯᠢ ᠲᠣᠭᠲᠠᠭᠠᠮᠵᠢ᠂ᢉᠦᠶᠢᠴᠡᠳᢈᠡᢈᠦ ᠵᠠᢈᠢᠷᠤᠯ ᠤ᠋ᠨ ᠲᠤᠰᠢᠶᠠᠯ᠂ ᠡᢉᠦᠷᢉᠡ ᠳᠠᠭᠠᠭᠠᠯᠭᠠᠪᠤᠷᠢ ᠶ᠋ᠢᠨ ᢈᠡᠷᠡᢉᠵᠢᠯᠲᠡ ᠶ᠋ᠢ ᠬᠠᠩᠭᠠᠭᠤᠯᠬᠤ